ᠨᠡᠪᠲᠡᠷᠡᠨ ᠤᠷᠤᠬᠤ
ᠴᠢᠩᠭᠢᠰ ᠬᠠᠭᠠᠨ ᠤ ᠣᠩᠭ᠋ᠤᠨ ᠤ ᠰᠢᠳᠦᠭᠡᠨ ᠬᠠᠮᠠᠭᠠᠯᠠᠭᠴᠢ ᠳᠠᠷᠬᠠᠤᠨ

ᠲ᠋ᠠᠷᠬᠠᠤᠨ ᠭᠡᠭ᠍ᠴᠢ ᠳᠠᠷᠬᠠᠨ ᠬᠠᠷᠢᠭᠤᠴᠠᠯᠭ᠎ᠠ ᠲᠡᠶ ᠭᠦᠮᠦᠰ ᠭᠡᠰᠡᠨ ᠣᠤᠠᠬ᠎ᠠ ᠲᠡᠶ᠂ ᠳᠠᠳᠠ ᠪᠣᠯ ᠴᠢᠩᠭᠢᠰ ᠬᠠᠭᠠᠨ ᠤ ᠣᠷᠳᠤᠨ ᠤ ᠠᠢ᠌ᠮᠠᠭ᠂ ᠣᠷᠳᠤᠰ ᠤᠨ ᠨᠢᠭᠡᠨ ᠪᠦᠷᠢᠯᠳᠦᠭᠦᠨ ᠭᠡᠰᠡᠭ᠌᠃ ᠳᠤᠬᠠᠢ ᠶᠢᠨ ᠦᠶᠡᠰ ᠶᠡᠭᠡ ᠮᠤᠩᠭ᠋ᠤᠯ ᠣᠯᠤᠰ ᠡᠴᠠ 《ᠴᠡᠷᠢᠭ᠌ ᠤᠨ ᠠᠯᠪᠠ ᠬᠠᠭᠠᠬᠤ ᠦᠭᠡᠶ᠂ ᠭᠠᠢ᠌ᠯᠢ ᠳᠤᠰᠢᠶᠠᠬᠤ ᠦᠭᠡᠶ》 ᠡᠷᠭᠡ ᠣᠯᠭᠤᠵᠤ᠂ ᠳᠤᠰᠬᠠᠢ᠌ᠯᠠᠨ ᠴᠢᠩᠭᠢᠰ ᠬᠠᠭᠠᠨ ᠤ ᠨᠢ᠋ᠮᠠᠨ ᠴᠠᠭᠠᠨ ᠣᠷᠳᠤ ᠰᠢᠳᠦᠭᠡᠨ ᠢ ᠰᠠᠭᠢᠨ ᠬᠠᠮᠠᠭᠠᠯᠠᠭᠤᠯᠬᠤ ᠪᠠᠷ ᠣᠠᠴᠠ ᠡᠷᠭᠡ ᠣᠯᠭᠤᠨ ᠳᠤᠮᠢᠯᠠᠭᠰᠠᠨ ᠭᠦᠮᠦᠰ᠃ ᠣᠷᠳᠤᠰ ᠠᠢ᠌ᠮᠠᠭ ᠤᠨ ᠡᠨᠡ ᠭᠦ ᠬᠠᠮᠳᠤ ᠶᠢᠨ ᠴᠤᠭᠴᠠ ᠨᠢ ᠮᠤᠩᠭ᠋ᠤᠯ ᠤᠨ ᠡᠯ᠎ᠡ ᠠᠢ᠌ᠮᠠᠭ ᠪᠦᠯᠦᠭ᠌ ᠤᠨ ᠭᠦᠮᠦᠰ ᠡᠴᠠ ᠪᠦᠷᠢᠯᠳᠦᠵᠡᠢ᠃ ᠳᠠᠳᠠ ᠨᠢ᠋ᠮᠠᠨ ᠴᠠᠭᠠᠨ ᠣᠷᠳᠤ ᠵᠢᠴᠢ ᠴᠢᠩᠭᠢᠰ ᠬᠠᠭᠠᠨ ᠤ ᠰᠢᠳᠦᠭᠡᠨ ᠢ ᠰᠠᠭᠢᠬᠤ᠂ ᠳᠠᠢ᠌ᠬᠤ᠂ ᠬᠠᠮᠢᠶᠠᠷᠬᠤ᠂ ᠰᠢᠯᠵᠢᠭᠦᠯᠭᠦ ᠳᠠᠷᠬᠠᠨ ᠡᠭᠦᠷᠭᠡ ᠶᠢ ᠬᠠᠷᠢᠭᠤᠴᠠᠨ ᠡᠭᠦᠷᠭᠡᠯᠡᠵᠤ ᠪᠠᠢ᠌ᠪᠠ᠃ ᠡᠨᠡ ᠭᠦ ᠬᠠᠮᠳᠤ ᠶᠢᠨ ᠴᠤᠭᠴᠠ ᠣᠷᠳᠤ ᠣᠳᠠᠭᠠᠨ ᠤ ᠳᠡᠦᠭᠡᠨ ᠬᠤᠪᠢᠷᠠᠯᠳᠠ ᠶᠠᠪᠣᠴᠠ ᠳᠤᠮᠳᠠ ᠦᠶ᠎ᠡ ᠣᠯᠠᠷᠢᠨ ᠵᠠᠯᠭᠠᠮᠵᠢᠯᠠᠵᠤ᠂ ᠴᠢᠩᠭᠢᠰ ᠬᠠᠭᠠᠨ ᠤ ᠨᠢ᠋ᠮᠠᠨ ᠴᠠᠭᠠᠨ ᠣᠷᠳᠤ ᠵᠢᠴᠢ ᠠᠷᠪᠠᠨ ᠭᠤᠷᠪᠠᠳᠤᠭᠠᠷ ᠵᠠᠭᠤᠨ ᠤ ᠮᠤᠩᠭ᠋ᠤᠯ ᠸᠠᠩᠳᠤ ᠲᠦᠷᠦ ᠶᠢᠨ ᠦᠶ᠎ᠡ ᠶᠢᠨ ᠨᠢᠭᠤᠴᠠ ᠰᠤᠨᠢᠭᠤᠨ ᠳᠠᠢ᠌ᠯᠭ᠎ᠠ ᠳᠠᠭᠢᠯᠭ᠎ᠠ ᠶᠢᠨ ᠰᠤᠶᠤᠯ ᠪᠣᠯᠤᠨ ᠣᠷᠳᠤᠨ ᠤ ᠶᠤᠰᠤᠯᠠᠯ ᠤᠨ ᠰᠤᠶᠤᠯ ᠢ ᠪᠦᠷᠢᠨ ᠪᠦᠳᠤᠨ ᠶᠢᠡᠷ ᠬᠠᠳᠠᠭᠠᠯᠠᠵᠤ ᠢᠷᠠᠵᠠᠢ᠃ ᠳᠠᠷᠬᠠᠤᠨ ᠠᠷᠪᠠᠨ ᠭᠤᠷᠪᠠᠳᠤᠭᠠᠷ ᠵᠠᠭᠤᠨ ᠡᠴᠠ ᠡᠭᠦᠰᠦᠯᠳᠡ ᠲᠡᠶ᠂ ᠴᠢᠩ ᠣᠯᠤᠰ ᠤᠨ ᠡᠩᠭᠡ ᠠᠮᠤᠭᠤᠯᠠᠩ ᠤᠨ ᠦᠶ᠎ᠡ ᠳᠤ ᠳᠠᠭᠢᠠᠳᠠ ᠳᠠᠪᠤᠨ ᠵᠠᠭᠤᠨ ᠡᠷᠦᠭᠡ ᠳᠠᠷᠬᠠᠤᠨ ᠢ ᠵᠤᠬᠢᠶᠠᠨ ᠪᠠᠢ᠌ᠭᠤᠯᠵᠤ᠂ ᠡᠭᠦᠷᠭᠡ ᠬᠠᠷᠢᠭᠤᠴᠠᠯᠭ᠎ᠠ ᠶᠢ ᠨᠢ ᠣᠯᠠᠮ ᠳᠤᠳᠤᠷᠬᠠᠢ ᠪᠣᠯᠭᠠᠵᠠᠢ᠃

ᠠᠵᠢᠯᠴᠢ ᠭᠦᠳᠡᠯᠮᠦᠷᠢᠴᠢ ᠣᠢ ᠣᠬᠠᠭᠠᠨ ᠲᠡᠶ ᠳᠠᠷᠬᠠᠤᠨ ᠭᠤᠤᠯ ᠨᠢ ᠮᠠᠯ ᠠᠵᠤ ᠠᠬᠤᠢ ᠡᠷᠭᠢᠯᠡᠨ ᠨᠢ᠋ᠮᠠᠨ ᠵᠠᠭᠤᠭᠠᠤᠨ ᠵᠢᠯ ᠤᠨ ᠳᠤᠷᠰᠢ ᠭᠦᠴᠢᠷ ᠪᠠᠷᠭᠡ ᠶᠢ ᠳᠤᠭᠤᠯᠤᠨ ᠴᠢᠩᠭᠢᠰ ᠬᠠᠭᠠᠨ ᠤ ᠨᠢ᠋ᠮᠠᠨ ᠴᠠᠭᠠᠨ ᠣᠷᠳᠤ ᠪᠣᠯᠤᠨ ᠰᠦᠯᠳᠡ ᠳᠤᠭ ᠵᠡᠷᠭᠡ ᠰᠢᠳᠦᠭᠡᠨ ᠢ ᠰᠠᠭᠢᠨ ᠬᠠᠮᠠᠭᠠᠯᠠᠵᠤ ᠰᠢᠳᠤᠨ ᠳᠠᠭᠢᠭᠰᠠᠭᠠᠷ ᠢᠷᠡᠭ᠍ᠰᠡᠨ ᠶᠢᠡᠷ ᠦᠯᠦ ᠪᠠᠷᠠᠨ ᠴᠢᠩᠭᠢᠰ ᠬᠠᠭᠠᠨ ᠤ ᠳᠠᠢ᠌ᠯᠭ᠎ᠠ ᠳᠠᠭᠢᠯᠭ᠎ᠠ ᠳᠤ ᠭᠡᠷᠡᠭᠯᠡᠭᠦ ᠡᠳ᠋ ᠪᠣᠳᠠᠰ ᠪᠣᠯᠤᠨ ᠵᠠᠷᠤᠳᠠᠯ ᠢ ᠪᠦᠷᠢᠳᠦᠭᠦᠯᠦᠭ᠍ᠰᠡᠭᠡᠷ ᠢᠷᠠᠵᠠᠢ᠃ ᠳᠠᠳᠠ ᠠᠷᠪᠠᠨ ᠭᠤᠷᠪᠠᠳᠤᠭᠠᠷ ᠵᠠᠭᠤᠨ ᠤ ᠦᠶ᠎ᠡ ᠶᠢᠨ ᠮᠤᠩᠭ᠋ᠤᠯ ᠦᠨᠳᠦᠰᠦᠳᠠᠨ ᠤ ᠳᠠᠢ᠌ᠯᠭ᠎ᠠ ᠳᠠᠭᠢᠯᠭ᠎ᠠ ᠶᠢᠨ ᠰᠤᠶᠤᠯ᠂ ᠣᠷᠳᠤᠨ ᠤ ᠰᠤᠶᠤᠯ ᠪᠣᠯᠤᠨ ᠠᠷᠠᠤᠨ ᠤᠨ ᠵᠠᠩᠰᠢᠯ ᠶᠤᠰᠤᠯᠠᠯ ᠤᠨ ᠰᠤᠶᠤᠯ ᠢ ᠪᠦᠷᠢᠨ ᠪᠦᠳᠤᠨ ᠶᠢᠡᠷ ᠬᠠᠳᠠᠭᠠᠯᠠᠵᠤ᠂ ᠦᠨᠳᠦᠰᠦᠳᠠᠨ ᠤ ᠰᠢᠯᠢᠳᠡᠭ᠌ ᠰᠤᠶᠤᠯ ᠢ ᠣᠯᠠᠮᠵᠢᠯᠠᠨ ᠪᠠᠳᠠᠷᠠᠭᠤᠯᠬᠤ ᠳᠤ ᠪᠠᠯᠠᠷᠠᠰᠢ ᠦᠭᠡᠶ ᠵᠢᠦᠡᠭᠦᠯ ᠥᠵᠡᠭᠦᠯᠵᠡᠢ᠃ᠵᠤᠬᠢᠶᠠᠭᠴᠢ ᠶᠢᠨ ᠬᠠᠶ‍ᠢᠭ ᠄ ᠴᠢᠩᠭᠢᠰ ᠬᠠᠭᠠᠨ ᠤ ᠣᠩᠭ᠋ᠤᠨ ᠤ ᠳᠠᠢ᠌ᠯᠭ᠎ᠠ ᠰᠤᠶᠤᠯ ᠤᠨ ᠠᠯᠪᠠᠨ ᠭᠡᠷ

ᠵᠤᠬᠢᠶᠠᠭᠴᠢ᠄ ᠰᠡᠴᠡᠡᠪᠢᠯᠢᠭ᠌
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠮᠤᠩᠭᠤᠯ ᠲᠡᠦᠬᠡ
ᠳᠠᠷᠤᠮ᠄ 7446
ᠴᠠᠭ᠄ 2010 ᠤᠨ ᠤ 02 ᠰᠠᠷ᠎ᠠ ᠶᠢᠨ 10
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ