《ᠬᠤᠷᠰᠢᠨ ᠰᠤᠷᠤᠯᠴᠠᠬᠤ ᠠᠷᠭ᠎ᠠ》 ᠵᠢ ᠠᠩᠭ᠍ᠯᠢ ᠭᠡᠯᠡᠨ ᠤ ᠭᠢᠴᠢᠶᠡᠯᠯᠡᠭᠡ ᠳᠤ ᠶᠠᠪᠣᠭᠳᠠᠭᠤᠯᠬᠤ ᠳᠤᠬᠠᠢ

ᠳᠤᠭᠣᠢ᠌ᠯᠠᠩ ᠬᠤᠪᠢᠶᠠᠨ ᠬᠤᠷᠰᠢᠨ ᠰᠤᠷᠤᠯᠴᠠᠬᠤ ᠵᠢᠭᠠᠨ ᠰᠤᠷᠭᠠᠯᠳᠠ ᠶᠢᠨ ᠦᠨᠳᠦᠰᠦᠨ ᠭᠡᠯᠪᠠᠷᠢ ᠪᠦᠳᠦᠴᠡ ᠪᠣᠯ ᠪᠠᠭᠰᠢ ᠪᠣᠯ ᠵᠤᠬᠢᠶᠠᠨ ᠪᠠᠢ᠌ᠭᠤᠯᠤᠭᠴᠢ᠂ ᠣᠷᠤᠯᠴᠠᠭᠴᠢ᠂ ᠪᠠᠭᠰᠢ ᠡᠴᠠ ᠳᠤᠭᠣᠢ᠌ᠯᠠᠩ ᠳᠤ ᠰᠡᠩᠭᠡᠷᠡᠭᠦᠯᠵᠤ᠂ ᠰᠤᠷᠤᠭᠴᠢᠳ ᠥᠪᠠᠷᠳᠡᠭᠡᠨ ᠰᠤᠷᠬᠤ᠂ ᠪᠠᠭ᠎ᠠ ᠳᠤᠭᠣᠢ᠌ᠯᠠᠩ ᠶᠢᠡᠷ ᠶᠠᠷᠢᠯᠴᠠᠬᠤ᠂ ᠳᠤᠭᠣᠢ᠌ᠯᠠᠩ ᠤᠨ ᠬᠤᠭᠤᠷᠤᠠᠳᠤ ᠪᠠᠨ ᠰᠤᠯᠢᠯᠴᠠᠬᠤ᠂ ᠪᠣᠯᠪᠠᠰᠤᠷᠠᠯ ᠶᠢᠡᠷ ᠣᠢ᠌ᠯᠭᠠᠨ ᠰᠢᠯᠭᠠᠬᠤ ᠵᠡᠷᠭᠡ ᠶᠠᠪᠣᠴᠠ ᠪᠠᠷ ᠶᠠᠪᠣᠭᠳᠠᠳᠠᠭ᠃ ᠶᠠᠷᠤ ᠳᠡᠭᠡᠨ ᠳᠤᠭᠣᠢ᠌ᠯᠠᠩ ᠪᠦᠷᠢ 3 ᠊᠊᠊᠊᠊᠊᠊᠊᠊᠊᠊᠊᠊᠊᠊ 6 ᠰᠤᠷᠤᠭᠴᠢ ᠣᠷᠤᠯᠴᠠᠳᠠᠭ᠃

《ᠬᠤᠷᠰᠢᠨ ᠰᠤᠷᠤᠯᠴᠠᠬᠤ ᠠᠷᠭ᠎ᠠ》 ᠨᠢ ᠭᠢᠴᠢᠶᠠᠯ ᠤᠨ ᠳᠢᠩᠭᠢᠮ ᠤᠨ ᠵᠢᠭᠠᠨ ᠰᠤᠷᠭᠠᠯᠳᠠ ᠶᠢᠨ ᠭᠢᠷᠢ ᠲᠦᠪᠰᠢᠨ ᠢ ᠳᠡᠭᠡᠭ᠍ᠰᠢᠯᠡᠭᠦᠯᠵᠤ᠂ ᠦᠨᠳᠦᠰᠦᠨ ᠥᠢᠯᠡᠳᠦᠯᠭᠡ ᠨᠢ ᠪᠦᠭᠦ ᠠᠩᠭᠢ ᠶᠢᠨ ᠰᠤᠷᠤᠭᠴᠢᠳ ᠤᠨ ᠰᠤᠷᠤᠯᠴᠠᠯᠭ᠎ᠠ ᠶᠢᠨ ᠭᠢᠷᠢ ᠭᠡᠮᠵᠢᠶ᠎ᠡ᠂ ᠴᠢᠳᠠᠪᠣᠷᠢ ᠶᠢᠨ ᠪᠠᠢ᠌ᠳᠠᠯ᠂ ᠦᠪᠡᠷᠮᠢᠴᠠ ᠣᠠᠴᠠᠯᠢᠭ ᠵᠡᠷᠭᠡ ᠶᠢ ᠨᠢ ᠪᠠᠳᠠᠷᠠᠭᠤᠯᠵᠤ᠂ ᠳᠤᠭᠣᠢ᠌ᠯᠠᠩ ᠤᠨ ᠭᠡᠰᠢᠭᠦᠤᠨ ᠦᠪᠡᠷ ᠤᠨ ᠬᠠᠷᠠᠯᠳᠠ ᠪᠠᠨ ᠪᠠᠶᠡᠯᠡᠭᠦᠯᠭᠦ ᠪᠠᠷ ᠴᠢᠷᠮᠠᠢ᠌ᠬᠤ ᠪᠠᠷ ᠪᠠᠷᠠᠬᠤ ᠦᠭᠡᠶ ᠨᠠᠩ ᠢᠯᠡᠭᠦᠤ ᠳᠤᠭᠣᠢ᠌ᠯᠠᠩ ᠤᠨ ᠨᠥᠭᠦᠤᠨ ᠤᠨ ᠶᠢᠡᠨ ᠬᠠᠷᠠᠯᠳᠠ ᠶᠢ ᠪᠠᠶᠡᠯᠡᠭᠦᠯᠭᠦ ᠪᠠᠷ ᠴᠢᠷᠮᠠᠢ᠌ᠨ ᠬᠠᠷᠢᠯᠴᠠᠨ ᠬᠠᠮᠳᠤᠷᠤᠯᠴᠠᠨ ᠰᠤᠷᠤᠯᠴᠠᠬᠤ ᠡᠴᠠ ᠰᠤᠷᠤᠯᠴᠠᠯᠭ᠎ᠠ ᠶᠢᠨ ᠳᠤᠮᠳᠠᠭᠢ ᠭᠦᠴᠢᠷᠳᠡᠯᠭᠡ ᠶᠢ ᠠᠮᠠᠷᠬᠠᠨ ᠰᠢ᠌ᠤᠠᠪᠣᠷᠢᠯᠠᠵᠤ᠂ ᠰᠤᠷᠤᠭᠴᠢᠳ ᠤᠨ ᠢᠳᠠᠪᠭᠢᠵᠢᠯ ᠢ ᠮᠠᠰᠢ ᠰᠠᠢ᠌ᠨ ᠳᠠᠢ᠌ᠴᠢᠯᠠᠵᠤ ᠳᠠᠢ᠌ᠯᠤᠨ᠎ᠡ᠃

ᠠᠩᠭ᠍ᠯᠢ ᠭᠡᠯᠡ ᠪᠣᠯ ᠨᠢᠭᠡᠨ ᠳᠦᠷᠤᠯ ᠤᠨ ᠭᠡᠯᠡ ᠣᠴᠢᠷ ᠡᠴᠠ ᠬᠠᠷᠢᠯᠴᠠᠭᠠᠨ ᠡᠴᠠ ᠰᠠᠯᠵᠤ ᠴᠢᠳᠠᠬᠤ ᠦᠭᠡᠶ᠂ ᠡᠴᠦᠰ ᠲᠡᠭᠡᠨ ᠬᠠᠰᠢᠯᠠ ᠬᠠᠷᠢᠯᠴᠠᠭᠠᠨ ᠤ ᠭᠡᠯᠪᠠᠷᠢ ᠪᠠᠷ ᠭᠡᠯᠡᠨ ᠤ ᠴᠢᠳᠠᠪᠣᠷᠢ ᠶᠢ ᠳᠡᠭᠡᠭ᠍ᠰᠢᠯᠡᠭᠦᠯᠭᠦ ᠶᠠᠪᠣᠳᠠᠯ ᠪᠣᠯᠤᠨ᠎ᠠ᠃ ᠭᠢᠴᠢᠶᠠᠯ ᠤᠨ ᠪᠢᠴᠢᠭ᠌ ᠤᠨ ᠪᠦᠭᠦᠢᠯᠡ ᠶᠠᠪᠣᠴᠠ ᠨᠢ ᠴᠤ ᠭᠤᠤᠯᠳᠠᠭᠤ ᠶᠠᠷᠢᠯᠴᠠᠭᠠᠨ ᠤ ᠠᠭᠤᠯᠭ᠎ᠠ ᠪᠠᠷ ᠶᠠᠪᠣᠭᠳᠠᠳᠠᠭ᠃ ᠡᠢ᠌ᠮᠤ ᠡᠴᠠ 《ᠬᠤᠷᠰᠢᠨ ᠰᠤᠷᠤᠯᠴᠠᠬᠤ ᠠᠷᠭ᠎ᠠ》 ᠶᠢ ᠭᠡᠷᠡᠭᠯᠡᠨ ᠭᠢᠴᠢᠶᠠᠯ ᠤᠨ ᠠᠭᠤᠯᠭ᠎ᠠ ᠶᠢ ᠶᠠᠷᠢᠯᠴᠠᠭᠤᠯᠬᠤ ᠵᠡᠷᠭᠡ ᠠᠷᠭ᠎ᠠ ᠭᠡᠯᠪᠠᠷᠢ ᠪᠠᠷ ᠭᠢᠴᠢᠶᠠᠯ ᠤᠨ ᠠᠭᠤᠯᠭ᠎ᠠ ᠶᠢ ᠶᠠᠪᠣᠭᠳᠠᠭᠤᠯᠪᠠᠯ ᠰᠤᠷᠤᠭᠴᠢᠳ ᠤᠨ ᠬᠤᠭᠤᠷᠤᠠᠳᠤᠭᠢ ᠭᠤᠶᠤ ᠰᠠᠢ᠌ᠬᠠᠨ ᠭᠦᠮᠦᠰ ᠤᠨ ᠬᠠᠷᠢᠯᠴᠠᠭᠠᠨ ᠤ ᠬᠠᠷᠢᠴᠠᠭ᠎ᠠ ᠶᠢ ᠪᠠᠢ᠌ᠭᠤᠯᠵᠤ᠂ ᠰᠤᠷᠤᠭᠴᠢᠳ ᠤᠨ ᠰᠠᠳᠭᠢᠴᠠ ᠶᠢᠨ ᠭᠦᠭ᠍ᠵᠢᠯᠳᠡ ᠪᠣᠯᠤᠨ ᠨᠡᠢ᠌ᠭᠡᠮ ᠨᠠᠢ᠌ᠳᠠ ᠶᠢᠨ ᠣᠳᠤᠭᠢᠴᠢᠯᠠᠯᠳᠠ ᠳᠤ ᠴᠦᠮ ᠠᠰᠢᠭᠳᠠᠢ ᠪᠠᠢ᠌ᠳᠠᠭ᠃

《ᠬᠤᠷᠰᠢᠨ ᠰᠤᠷᠤᠯᠴᠠᠬᠤ ᠠᠷᠭ᠎ᠠ》 ᠶᠢ ᠠᠩᠭ᠍ᠯᠢ ᠭᠡᠯᠡᠨ ᠤ ᠭᠢᠴᠢᠶᠠᠯ ᠳᠤ ᠶᠠᠪᠣᠭᠳᠠᠭᠤᠯᠬᠤ ᠳᠠᠭᠠᠨ ᠵᠦᠪ ᠰᠠᠢ᠌ᠬᠠᠨ ᠠᠷᠭ᠎ᠠ ᠶᠢ ᠭᠡᠷᠡᠭᠯᠡᠨ ᠶᠠᠭᠤᠨ ᠤ ᠡᠮᠤᠨ᠎ᠡ ᠰᠤᠷᠤᠭᠴᠢᠳ ᠢ ᠨᠠᠮ ᠵᠢᠮ ᠪᠠᠢ᠌ᠯᠭᠠᠬᠤ ᠭᠡᠷᠡᠭ᠍ᠳᠡᠢ᠃ ᠰᠤᠷᠤᠭᠴᠢᠳ ᠭᠡᠳᠦᠷᠭᠡᠢ ᠭᠦᠭᠡᠷᠦᠯᠳᠤᠨ ᠭᠢᠴᠢᠶᠠᠯ ᠤᠨ ᠳᠢᠩᠭᠢᠮ ᠤᠨ ᠠᠭᠤᠷ ᠠᠮᠢᠰᠬᠤᠯ ᠢ ᠨᠥᠯᠦᠭᠡᠯᠡᠨ᠂ ᠡᠰᠡᠷᠭᠦ ᠣᠢ᠌ᠯᠠᠳᠤᠯ ᠭᠠᠷᠬᠤ ᠡᠴᠠ ᠰᠡᠷᠭᠡᠢ᠌ᠯᠡᠭᠦ ᠭᠡᠷᠡᠭ᠍ᠳᠡᠢ᠃ ᠭᠢᠴᠢᠶᠠᠯ ᠡᠴᠠ ᠡᠮᠤᠨ᠎ᠡ ᠰᠤᠷᠤᠭᠴᠢᠳ ᠶᠢᠡᠨ ᠰᠠᠢ᠌ᠬᠠᠨ ᠪᠡᠯᠡᠳᠭᠡᠭᠦ ᠭᠡᠷᠡᠭ᠍ᠳᠡᠢ᠂ ᠳᠤᠭᠣᠢ᠌ᠯᠠᠩ ᠤᠨ ᠰᠤᠷᠤᠭᠴᠢᠳ ᠶᠢᠡᠨ ᠵᠤᠭᠢᠰᠳᠠᠢ ᠳᠤᠭᠢᠷᠠᠭᠤᠯᠵᠤ᠂ ᠳᠤᠭᠣᠢ᠌ᠯᠠᠩ ᠪᠦᠷᠢ ᠳᠤ ᠰᠤᠷᠤᠯᠭ᠎ᠠ ᠰᠠᠢ᠌ᠨ ᠰᠤᠷᠤᠭᠴᠢ ᠪᠠ ᠰᠤᠷᠤᠯᠭ᠎ᠠ ᠳᠠᠭᠠᠨ ᠭᠦᠴᠢᠷᠳᠡᠵᠤ ᠪᠠᠢ᠌ᠭ᠎ᠠ ᠰᠤᠷᠤᠭᠴᠢ ᠶᠢ ᠳᠤᠭᠢᠷᠠᠭᠤᠯᠬᠤ ᠪᠦᠭᠡᠳ ᠦᠷᠭᠦᠯᠵᠢ ᠳᠤᠭᠣᠢ᠌ᠯᠠᠩ ᠤᠨ ᠬᠤᠭᠤᠷᠤᠠᠳᠤ ᠨᠢ ᠰᠤᠷᠤᠭᠴᠢᠳ ᠶᠢᠡᠨ ᠰᠤᠯᠢᠵᠤ ᠪᠠᠢ᠌ᠬᠤ ᠭᠡᠷᠡᠭ᠍ᠳᠡᠢ᠃ ᠳᠤᠭᠣᠢ᠌ᠯᠠᠩ ᠤᠨ ᠳᠤᠮᠳᠠ ᠭᠦᠴᠢᠷᠳᠡᠢ ᠰᠢᠭ᠌ ᠠᠭᠤᠯᠭ᠎ᠠ ᠶᠢ ᠰᠤᠷᠤᠯᠭ᠎ᠠ ᠵᠥᠭᠡᠷ ᠰᠢᠭ᠌ ᠰᠤᠷᠤᠭᠴᠢ ᠳᠤ ᠦᠭ‍ᠭᠦᠨ᠂ ᠳᠦᠭᠦᠮ ᠰᠢᠭ᠌ ᠢ ᠨᠢ ᠰᠤᠷᠤᠯᠭ᠎ᠠ ᠳᠠᠭᠠᠨ ᠭᠦᠴᠢᠷᠳᠡᠵᠤ ᠪᠠᠢ᠌ᠭ᠎ᠠ ᠰᠤᠷᠤᠭᠴᠢ ᠪᠣᠶᠤ ᠵᠤᠷᠢᠭ ᠪᠠᠭᠠᠳᠠᠢ ᠰᠤᠷᠤᠭᠴᠢ ᠳᠤ ᠥᠭ᠍ᠪᠠᠯ ᠵᠥᠭᠡᠷ᠃ ᠢᠩᠭᠢᠪᠠᠯ ᠪᠦᠭᠦ ᠰᠤᠷᠤᠭᠴᠢ ᠶᠢ ᠭᠦᠳᠡᠯᠭᠡᠵᠤ ᠴᠢᠳᠠᠬᠤ ᠮᠦᠷᠳᠡᠭᠡᠨ ᠵᠤᠷᠢᠭ ᠪᠠᠭᠠᠳᠠᠢ ᠰᠤᠷᠤᠭᠴᠢ ᠪᠠ ᠰᠤᠷᠤᠯᠭ᠎ᠠ ᠳᠠᠭᠠᠨ ᠭᠦᠴᠢᠷᠳᠡᠵᠤ ᠪᠠᠢ᠌ᠭ᠎ᠠ ᠰᠤᠷᠤᠭᠴᠢᠳ ᠣᠷᠮ᠎ᠠ ᠵᠤᠷᠢᠭ ᠲᠡᠶ ᠪᠣᠯᠵᠤ ᠭᠦᠴᠢᠷ ᠡᠴᠠ ᠠᠶᠤᠬᠤ᠂ ᠳᠤᠷ᠎ᠠ ᠠᠯᠳᠠᠷᠠᠬᠤ ᠰᠡᠳᠬᠢᠯᠭᠡ ᠶᠢ ᠨᠢ ᠳᠠᠪᠴᠢᠵᠤ ᠴᠢᠳᠠᠨ᠎ᠠ᠃

ᠲ᠋ᠤᠭᠣᠢ᠌ᠯᠠᠩ ᠬᠤᠪᠢᠶᠠᠬᠤ ᠳᠠᠭᠠᠨ ᠳᠤᠭᠣᠢ᠌ᠯᠠᠩ ᠤᠨ ᠳᠠᠷᠤᠭ᠎ᠠ᠂ ᠮᠠᠲ᠋ᠸᠷᠢᠶᠠᠯ ᠬᠤᠷᠢᠶᠠᠬᠤ ᠭᠡᠰᠢᠭᠦᠨ᠂ ᠳᠡᠮᠳᠡᠭᠯᠡᠭᠦ ᠭᠡᠰᠢᠭᠦᠨ᠂ ᠬᠠᠷᠢᠭᠤ ᠮᠡᠳᠡᠭᠦᠯᠭᠦ ᠭᠡᠰᠢᠭᠦᠨ ᠢ ᠰᠠᠢ᠌ᠬᠠᠨ ᠳᠤᠭᠳᠠᠭᠠᠪᠠᠯ ᠵᠤᠭᠢᠰᠳᠠᠢ᠂ ᠣᠠᠳᠤᠤ ᠰᠤᠷᠤᠯᠴᠠᠬᠤ ᠠᠷᠭ᠎ᠠ ᠲᠡᠶ ᠵᠤᠭᠢᠴᠠᠬᠤ ᠶᠢ ᠠᠩᠬᠠᠷᠬᠤ ᠭᠡᠷᠡᠭ᠍ᠳᠡᠢ᠃ ᠭᠤᠤᠯ ᠨᠢ ᠡᠯ᠎ᠡ ᠳᠤᠭᠣᠢ᠌ᠯᠠᠩ ᠡᠭᠦᠷᠭᠡᠯᠡᠨ ᠭᠢᠭ᠍ᠰᠡᠨ ᠠᠵᠢᠯ ᠶᠢᠡᠨ ᠪᠦᠭᠦ ᠠᠩᠭᠢ ᠶᠢᠨ ᠨᠥᠭᠦᠤᠨ ᠲᠡᠭᠡᠨ ᠬᠠᠷᠢᠭᠤ ᠮᠡᠳᠡᠭᠦᠯᠭᠦ ᠶᠠᠪᠣᠳᠠᠯ ᠪᠣᠯᠤᠨ᠎ᠠ᠃ ᠬᠠᠮᠤᠭ ᠤᠨ ᠰᠠᠢ᠌ᠨ ᠭᠢᠭ᠍ᠰᠡᠨ ᠳᠤᠭᠣᠢ᠌ᠯᠠᠩ ᠢ ᠪᠠᠭᠰᠢ ᠡᠴᠠ ᠱᠠᠩᠨᠠᠨ ᠭᠦᠭᠢᠭᠦᠯᠪᠠᠯ ᠰᠤᠷᠤᠭᠴᠢᠳ ᠨᠠᠩ ᠢᠳᠠᠪᠭᠢᠳᠠᠢ ᠣᠷᠤᠯᠴᠠᠵᠤ᠂ ᠡᠨᠡ ᠣᠳᠠᠭ᠎ᠠ ᠠᠮᠵᠢᠯᠳᠠ ᠣᠯᠵᠤ ᠴᠢᠳᠠᠬᠤ ᠦᠭᠡᠶ ᠪᠣᠯ ᠳᠠᠷᠠᠭ᠎ᠠ ᠣᠳᠠᠭ᠎ᠠ ᠠᠮᠵᠢᠯᠳᠠ ᠣᠯᠬᠤ ᠪᠠᠷ ᠳᠡᠮᠡᠴᠡᠭᠦ ᠨᠢ ᠯᠠᠪᠳᠠᠢ ᠶᠤᠮ᠃

ᠪᠠᠭᠰᠢ ᠪᠣᠯ ᠰᠤᠷᠤᠭᠴᠢ ᠶᠢᠨ ᠰᠤᠷᠤᠯᠴᠠᠯᠭ᠎ᠠ ᠶᠢ ᠠᠭᠢᠭᠤᠯᠤᠭᠴᠢ᠂ ᠰᠤᠷᠤᠯᠴᠠᠬᠤ ᠴᠢᠳᠠᠪᠣᠷᠢ ᠶᠢ ᠭᠦᠭ᠍ᠵᠢᠭᠦᠯᠦᠭ᠍ᠴᠢ᠂ ᠠᠮᠢᠳᠤᠷᠠᠯ ᠤᠨ ᠭᠢᠨᠢ ᠳᠠᠭᠠᠭᠤᠯᠤᠭᠴᠢ᠂ ᠵᠢᠭᠠᠨ ᠰᠤᠷᠭᠠᠯᠳᠠ ᠶᠢᠨ ᠰᠤᠳᠤᠯᠤᠭᠴᠢ ᠮᠦᠷᠳᠡᠭᠡᠨ ᠭᠢᠴᠢᠶᠠᠯ ᠤᠨ ᠪᠦᠳᠦᠭᠡᠨ ᠪᠠᠢ᠌ᠭᠤᠯᠤᠭᠴᠢ ᠪᠠ ᠨᠡᠭᠡᠭᠡᠨ ᠠᠰᠢᠭᠯᠠᠭᠴᠢ ᠮᠦᠨ᠃ ᠡᠢ᠌ᠮᠤ ᠡᠴᠠ ᠰᠤᠷᠤᠭᠴᠢ ᠶᠢᠨ ᠰᠤᠷᠤᠯᠴᠠᠬᠤ ᠶᠠᠪᠣᠴᠠ ᠪᠣᠯᠤᠨ ᠦᠷ᠎ᠡ ᠳ᠋ᠦ᠋ᠩ ᠳᠤ ᠵᠦᠪ ᠦᠨᠡᠯᠠᠯᠳᠠ ᠭᠢᠵᠤ᠂ ᠰᠤᠷᠤᠭᠴᠢ ᠶᠢᠨ ᠪᠣᠳᠠᠳᠤ ᠪᠠᠢ᠌ᠳᠠᠯ ᠳᠤ ᠳᠤᠭᠢᠷᠠᠭᠤᠯᠤᠨ ᠠᠩᠬᠠᠷᠤᠯ ᠢ ᠨᠢ ᠳᠠᠳᠠᠬᠤ ᠵᠢᠷᠤᠭᠳᠤ ᠹᠢᠯᠢᠮ ᠶᠤᠮ ᠦᠦ︖ ᠱᠤᠭᠳᠠᠢ ᠰᠤᠨᠤᠰᠪᠣᠷᠢ ᠲᠡᠶ ᠥᠭᠡ ᠶᠠᠷᠢᠶ᠎ᠠ ᠪᠠᠷ ᠰᠡᠳᠭᠢᠯ ᠢ ᠨᠢ ᠭᠦᠭ᠍ᠵᠢᠭᠡᠵᠤ᠂ ᠰᠤᠷᠤᠭᠴᠢᠳ ᠢ ᠢᠯᠡᠭᠦᠭᠡᠨ ᠰᠠᠢ᠌ᠰᠢᠶᠠᠵᠤ᠂ ᠰᠤᠷᠤᠭᠴᠢᠳ ᠢ ᠢᠯᠡᠭᠦᠭᠡᠨ ᠬᠠᠪᠰᠤᠷᠴᠤ᠂ ᠢᠯᠡᠭᠦᠭᠡᠨ ᠵᠢᠯᠤᠭᠤᠤᠠᠴᠤ᠂ ᠪᠠᠭᠰᠢ ᠰᠤᠷᠤᠭᠴᠢᠳ ᠬᠠᠮᠵᠢᠯᠴᠠᠬᠤ ᠶᠢ ᠴᠢᠬᠤᠯᠠᠴᠢᠯᠠᠵᠤ᠂ ᠣᠳᠤ ᠦᠶ᠎ᠡ ᠶᠢᠨ ᠰᠤᠷᠤᠯᠴᠠᠬᠤ ᠭᠡᠯᠪᠠᠷᠢ ᠶᠢᠨ ᠵᠤᠷᠢᠭ ᠰᠠᠨᠠᠭᠠᠨ ᠤ ᠮᠦᠨ ᠴᠢᠨᠠᠷ ᠢ ᠡᠵᠡᠮᠰᠢᠮᠡᠡᠵᠢᠨ ᠰᠠ‍‌ᠶᠢ 《ᠬᠤᠷᠰᠢᠨ ᠰᠤᠷᠤᠯᠴᠠᠬᠤ ᠠᠷᠭ᠎ᠠ》 ᠶᠢ ᠦᠨᠡᠩᠬᠦ ᠦᠷ᠎ᠡ ᠠᠰᠢᠭᠳᠠᠢ ᠬᠤᠪᠢᠷᠠᠭᠤᠯᠵᠤ᠂ ᠠᠩᠭ᠍ᠯᠢ ᠭᠡᠯᠡᠨ ᠤ ᠭᠢᠴᠢᠶᠠᠯ ᠤᠨ ᠵᠢᠭᠠᠨ ᠰᠤᠷᠭᠠᠯᠳᠠ ᠶᠢᠨ ᠴᠢᠨᠠᠷ ᠴᠢᠠᠰᠠᠭ᠎ᠠ ᠶᠢ ᠳᠡᠭᠡᠭ᠍ᠰᠢᠯᠡᠭᠦᠯᠵᠤ ᠴᠢᠳᠠᠨ᠎ᠠ᠃


ᠵᠤᠬᠢᠶᠠᠭᠴᠢ ᠶᠢᠨ ᠬᠠ‍‌ᠶᠢᠭ ᠄ ᠪᠠᠷᠠᠭᠤᠨ ᠦᠵᠦᠮᠤᠴᠢᠨ ᠬᠤᠰᠢᠭᠤᠨ ᠤ ᠮᠤᠩᠭ᠋ᠤᠯ ᠦᠨᠳᠦᠰᠦᠳᠠᠨ ᠤ ᠬᠤᠶᠠᠳᠤᠭᠠᠷ ᠪᠠᠭ᠎ᠠ ᠰᠤᠷᠭᠠᠭᠤᠯᠢ

ᠵᠤᠬᠢᠶᠠᠭᠴᠢ᠄ ᠮᠦᠩᠭᠦᠡᠴᠡᠴᠡᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 2575
ᠴᠠᠭ᠄ 2010 ᠤᠨ ᠤ 11 ᠰᠠᠷ᠎ᠠ ᠶᠢᠨ 09